ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ ᠪᠦᠲᠦᠭᠡᠬᠦ ᠬᠡᠷᠡᠭᠲᠡᠢ
ᠨᠡᠶᠢᠲᠡᠯᠡᠭᠰᠡᠨ ᠴᠠᠭ᠄
2025/4/30
       ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ       ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ       ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 29 ᠤ ᠡᠳᠦᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠠ ᠲᠣᠭᠢᠶᠠᠯ ᠢ ᠠᠮᠵᠢᠨ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠬᠥᠲᠥᠯᠥᠮᠵᠢ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠰᠤᠷᠪᠤᠯᠵᠢ ᠶᠢᠨ ᠴᠢᠳᠠᠮᠵᠢ ᠪᠣᠯᠣᠨ ᠳᠡᠭᠡᠳᠦ ᠳᠡᠰ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠴᠢᠳᠠᠮᠵᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃      29 ᠤ ᠦᠳᠡ ᠶᠢᠨ ᠡᠮᠦᠨ᠎ᠡ᠂ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠳᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠤᠯᠭ᠎ᠠ ᠲᠠᠢ ᠪᠠᠷ ᠰᠢᠦᠢ ᠬᠤᠢ ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃       ︽ᠮᠦᠸᠧ ᠰᠦ᠋ ᠣᠷᠣᠨ ᠵᠠᠢ︾ ᠪᠣᠯ ᠱᠠᠩᠬᠠᠢ ᠬᠤᠲᠠ ᠶᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ ᠵᠠᠭᠪᠤᠷ ᠤᠨ ᠲᠤᠰᠬᠠᠢ ᠮᠡᠷᠭᠡᠵᠢᠯ ᠤᠨ ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ᠂ ᠨᠢᠭᠡᠨᠲᠡ 100 ᠭᠠᠷᠤᠢ ᠠᠵᠤ ᠠᠬᠤᠶᠢᠯᠠᠯ ᠣᠷᠣᠵᠤ ᠰᠠᠭᠤᠪᠠ᠃ ᠰᠢ ᠶᠢᠨ ᠫᠢᠩ ᠠᠳᠡ ᠢᠷᠡᠵᠦ᠂ ᠸᠢᠳᠢᠤ᠋ ᠣᠬᠤᠷ ᠹᠢᠯᠢᠮ ᠢᠶᠠᠷ ᠱᠠᠩᠬᠠᠢ ᠬᠤᠳᠠ ᠶᠢᠨ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠭᠤᠣᠯᠳᠠᠯᠭ᠎ᠠ ᠲᠠᠢ ᠨᠡᠪᠴᠢᠭᠦᠯᠬᠦ ᠠᠵᠤ ᠠᠬᠤᠶᠢᠯᠠᠯ ᠤᠨ ᠲᠣᠮᠣ ᠵᠠᠭᠪᠤᠷ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠪᠠ᠃       ᠰᠢ ᠶᠢᠨ ᠫᠢᠩ ᠱᠠᠩᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢ ᠢᠳᠡᠪᠬᠢᠲᠡᠢ ᠬᠥᠭᠵᠢᠭᠦᠯᠦᠭᠡᠳ ᠣᠯᠣᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠰᠢᠨᠡᠴᠢᠯᠡᠭᠳᠡᠵᠦ᠂ ᠶᠠᠭ ᠥᠷᠨᠢᠭᠦᠨ ᠬᠥᠭᠵᠢᠯᠲᠡ ᠪᠠᠨ ᠤᠭᠲᠤᠵᠤ ᠪᠠᠶᠢᠨ᠎ᠠ᠂ ᠱᠠᠩᠬᠠᠢ ᠬᠤᠲᠠ ᠶᠢᠨ ᠬᠢᠨ ᠲᠣᠮᠣ ᠵᠠᠭᠪᠤᠷ ᠤᠨ ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢᠶᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠰᠦᠪᠡᠭᠴᠢᠯᠡᠬᠦ ᠡᠷᠴᠢᠮ ᠢᠶᠠᠨ ᠴᠢᠩᠭᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠵᠢᠱᠢᠶ᠎ᠡ ᠦᠵᠡᠭᠦᠯᠭᠦ ᠦᠢᠯᠡᠳᠦᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃        ︽ᠮᠦᠸᠧ ᠰᠦ᠋ ᠣᠷᠣᠨ ᠵᠠᠢ︾ ᠶᠢᠨ 3 ᠳᠠᠪᠬᠤᠷᠭ᠎ᠠ ᠳᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ︾ ᠭᠤᠣᠯ ᠰᠡᠳᠦᠪᠲᠦ ᠱᠠᠯᠦ᠋ᠨ ᠶᠠᠪᠤᠭᠳᠠᠵᠤ ᠪᠠᠶᠢᠯ᠎ᠠ᠃ ᠰᠢ ᠶᠢᠨ ᠫᠢᠩ ᠪᠠᠶᠠᠷ ᠲᠠᠢ ᠪᠠᠷ ᠲᠤᠰ ᠱᠠᠯᠦ᠋ᠨ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠥᠪᠡᠷ ᠤᠨ ᠪᠠᠶᠢᠭ᠎ᠠ ᠪᠦᠯᠭᠦᠮ ᠤᠨ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠰᠤᠳᠤᠯᠭᠠᠨ ᠥᠷᠨᠢᠭᠦᠯᠵᠦ ᠪᠠᠶᠢᠬᠤ ᠪᠠ ᠠᠵᠤ ᠦᠢᠯᠡᠰ ᠤᠨ ᠬᠡᠷᠡᠭᠯᠡᠯᠲᠡ ᠶᠢᠨ ᠲᠤᠬᠠᠢ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ ᠤᠯᠠᠨ ᠳᠤ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠪᠠᠷ ᠮᠠᠨᠳᠤᠵᠤ ᠪᠠᠶᠢᠭ᠎ᠠ ᠦᠢᠯᠡᠰ ᠮᠥᠨ᠂ ᠮᠥᠨ ᠴᠤ ᠵᠠᠯᠠᠭᠤᠴᠤᠳ ᠤᠨ ᠦᠢᠯᠡᠰ ᠮᠥᠨ᠃ ᠪᠢᠳᠡ ᠶᠠᠭ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠶᠠᠭ ᠰᠠᠶᠢᠬᠠᠨ ᠵᠠᠯᠠᠭᠤ ᠨᠢᠭᠡ ᠦᠶ᠎ᠡ ᠶᠢᠨ ᠬᠢᠨ ᠤ ᠡᠷᠳᠡᠮ ᠴᠢᠳᠠᠪᠤᠷᠢ ᠪᠠᠨ ᠢᠯᠡᠷᠡᠭᠦᠯᠵᠦ᠂ ᠠᠪᠢᠶᠠᠰ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠰᠠᠶᠢᠨ ᠴᠠᠭ ᠦᠶ᠎ᠡ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠵᠠᠯᠠᠭᠤᠴᠤᠳ ᠲᠤ ᠬᠦᠰᠡᠯ ᠡᠷᠡᠮᠡᠯᠵᠡᠯ ᠢᠶᠠᠨ ᠲᠠᠯᠪᠢᠵᠤ ᠪᠠᠶᠢᠨ᠎ᠠ᠃ ᠤᠯᠠᠨ ᠢᠶᠠᠷ ᠢᠶᠠᠨ ᠡᠬᠡ ᠣᠷᠣᠨᠴᠢ ᠰᠡᠳᠬᠢᠯᠭᠡ ᠶᠢ ᠡᠪᠦᠷᠯᠡᠵᠦ᠂ ᠤᠯᠤᠰ ᠲᠠᠭᠠᠨ ᠵᠢᠳᠬᠦᠬᠦ ᠵᠣᠷᠢᠭ ᠢ ᠡᠪᠦᠷᠯᠡᠨ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠨᠡᠮᠡᠭᠳᠡᠭᠦᠯᠵᠦ᠂ ᠬᠤᠪᠢ ᠬᠥᠮᠥᠨ ᠤ ᠲᠡᠮᠡᠴᠡᠯ ᠢᠶᠠᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠳᠠᠮᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠪᠡ᠃       ᠳᠠᠷᠠᠭ᠎ᠠ ᠨᠢ᠂ ᠰᠢ ᠶᠢᠨ ᠫᠢᠩ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠣᠷᠣᠪᠠ᠃ ᠯᠠᠩᠭᠦᠢ ᠳᠡᠭᠡᠷ᠎ᠡ ᠲᠠᠯᠪᠢᠭᠠᠰᠤᠲᠠᠢ ᠣᠶᠤᠨᠴᠢ ᠨᠢᠳᠦᠨ ᠰᠢᠯ᠂ ᠣᠶᠤᠨᠴᠢ ᠬᠡᠦᠬᠡᠳ ᠤᠨ ᠲᠣᠭᠯᠠᠭᠠᠮ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠶᠢᠨ ᠦᠢᠯᠡᠳᠬᠦᠨ ᠨᠦᠭᠦᠳ ᠠᠩᠬᠠᠷᠤᠯ ᠢ ᠤᠨᠴᠠᠭᠠᠢ ᠲᠠᠲᠠᠵᠤ ᠪᠠᠶᠢᠯ᠎ᠠ᠂ ᠰᠢ ᠶᠢᠨ ᠫᠢᠩ ᠦᠢᠯᠡᠳᠬᠦᠨ ᠤ ᠴᠢᠳᠠᠮᠵᠢ ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠨᠠᠷᠢᠨ ᠣᠶᠢᠯᠠᠭᠠᠭᠰᠠᠨ ᠪᠥᠭᠡᠳ ᠪᠠᠰᠠ ᠤᠷᠮ᠎ᠠ ᠲᠠᠢ ᠪᠠᠷ ᠨᠢᠭᠡᠨ ᠣᠶᠤᠨᠴᠢ ᠨᠢᠳᠦᠨ ᠰᠢᠯ ᠢ ᠠᠪᠴᠤ ᠵᠡᠭᠦᠨ ᠪᠡᠶᠡᠴᠢᠯᠡᠨ ᠣᠶᠢᠯᠠᠭᠠᠪᠠ᠃ ᠲᠡᠷᠡ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠩ ᠤᠯᠠᠨ ᠠᠮᠤᠷ ᠲᠦᠪᠰᠢᠨ ᠨᠠᠶᠢᠳᠠᠪᠤᠷᠢᠲᠠᠢ ᠴᠢᠨᠠᠷ ᠰᠠᠶᠢᠲᠠᠢ ᠦᠢᠯᠡᠳᠬᠦᠨ ᠢ ᠴᠢᠷᠮᠠᠶᠢᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃       ᠠᠶᠠᠷᠯᠠᠬᠤ ᠦᠶ᠎ᠡ ᠳᠤ᠂ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠣᠯᠣᠨ ᠠᠵᠤ ᠠᠬᠤᠶᠢᠯᠠᠯ ᠤᠨ ᠠᠵᠢᠯᠲᠠᠳ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠵᠤ᠂ ᠶᠡᠷᠦᠩᠬᠡᠢ ᠱᠦᠵᠢ ᠶᠢᠨ ᠳᠠᠭᠢᠭᠠᠳ ᠢᠷᠡᠬᠦ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠯᠠᠨ ᠤ ᠵᠦᠭ ᠪᠠᠶᠢᠨ ᠲᠠᠭᠢᠨ ᠭᠠᠷ ᠳᠠᠯᠠᠯᠤᠨ ᠮᠡᠨᠳᠦᠴᠢᠯᠡᠵᠦ᠂ ᠤᠯᠠᠨ ᠤ ︽5 · 1︾ ᠤ ᠬᠥᠳᠡᠯᠮᠦᠷᠢᠴᠢᠳ ᠤᠨ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠥᠩᠭᠡᠷᠡᠭᠦᠯᠬᠦ ᠶᠢ ᠵᠥᠩᠨᠡᠵᠦ᠂ ᠤᠯᠠᠨ ᠢ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃       ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号