ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠬᠤᠰᠢᠭᠤᠨ ᠤ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃     ᠨᠣᠮ ᠤᠩᠰᠢᠬᠤ ᠠᠩᠭᠢ ᠶᠢ ᠲᠥᠪᠯᠡᠷᠡᠭᠦᠯᠦᠨ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠵᠧᠨ ᠰᠢᠶᠤᠤ ᠶᠠᠨ ᠨᠥᠬᠦᠷ ᠤᠷᠢᠯᠭ᠎ᠠ ᠪᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ ᠨᠢᠭᠡ ᠳᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠤ ᠢᠯᠵᠢᠷᠡᠯ ᠢ ᠰᠡᠷᠭᠡᠶᠢᠯᠡᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠷᠢᠮᠲᠠᠯᠠᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠃ ᠬᠤᠶᠠᠷ ᠲᠤ᠂ ᠰᠢᠰᠲ᠋ᠧᠮ ᠲᠠᠢ ᠪᠠᠷ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ︽ᠳᠥᠷᠪᠡᠨ ᠰᠤᠷᠲᠠᠯ︾ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠦᠷᠢᠯᠭᠡᠨ ᠰᠦᠢᠳᠬᠡᠬᠦ ᠶᠢ ᠬᠤᠷᠢᠭᠯᠠᠨ᠂ ᠪᠢᠴᠢᠭ ᠮᠠᠲ᠋ᠧᠷᠢᠶᠠᠯ ᠪᠠ ᠬᠤᠷᠠᠯ ᠡᠷᠭᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠳᠥᠷᠪᠡᠨ ᠦᠭᠡᠢ ᠬᠤᠶᠠᠷ ᠰᠢᠭᠤᠳ︾ ᠪᠠᠶᠢᠴᠠᠭᠠᠨ ᠰᠤᠳᠤᠯᠤᠯᠲᠠ ᠬᠢᠬᠦ ᠶᠢ ᠪᠠᠷᠢᠮᠲᠠᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠭᠤᠷᠪᠠ ᠳᠤ᠂ ᠰᠣᠷᠣᠭᠰᠠᠨ ᠢᠶᠠᠨ ᠬᠡᠷᠡᠭᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃    ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠣᠮ ᠤᠩᠰᠢᠬᠤ ᠠᠩᠭᠢ ᠳᠤ ᠣᠷᠣᠯᠴᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号