ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠬᠢᠭᠡᠳ ᠠᠵᠢᠯ ᠤᠨ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠲᠦᠮᠡᠳ ᠵᠡᠭᠦᠨ ᠬᠤᠰᠢᠭᠤ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ | ᠡᠷᠭᠢᠯᠡᠪᠡ᠃ | ᠪᠣᠯᠪᠠᠰᠤᠷᠠᠯ ᠤᠨ ᠬᠤᠷᠠᠯ ᠳᠤ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠶᠡᠷᠦᠩᠬᠡᠶᠢᠯᠡᠨ ᠵᠠᠰᠠᠬᠤ | ᠰᠠᠯᠠᠭᠠᠨ ᠤ ᠳᠡᠳ᠋ ᠳᠠᠷᠤᠭ᠎ᠠ ᠭᠤᠤ ᠮᠢᠨ ᠢ ᠤᠷᠢᠵᠤ ︽ᠪᠥᠬᠦ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠤᠯᠬᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢᠨ ᠲᠣᠭᠤᠷᠢᠨ ᠳᠤ | ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠵᠢᠴᠢ ᠡᠯ᠎ᠡ ᠰᠢᠶᠠᠩ ᠪᠠᠯᠭᠠᠰᠤ ︵ᠲᠥᠪ | ︶ ᠶᠢᠨ ᠺᠠᠳ᠋ᠷ ᠲᠤ ᠲᠤᠰᠬᠠᠶ ᠰᠡᠳᠦᠪ ᠢᠶᠠᠷ ᠬᠢᠴᠢᠶᠡᠯ ᠣᠷᠣᠪᠠ᠃ ᠬᠤᠷᠠᠯ ᠳᠤ ᠣᠷᠣᠯᠴᠠᠭᠰᠠᠳ᠂ ᠲᠣᠰ ᠤᠳᠠᠭᠠᠨ ᠤ | ᠪᠣᠯᠪᠠᠰᠤᠷᠠᠭᠤᠯᠤᠯ ᠤᠨ ᠬᠤᠷᠠᠯ ᠢ ᠡᠷᠭᠢᠯᠡᠭᠰᠡᠨ ᠨᠢ ᠶᠡᠷᠦᠩᠬᠡᠶ ᠱᠦᠵᠢ ᠰᠢ ᠶᠢᠨ ᠫᠢᠩ ᠤᠨ ᠶᠡᠷᠦᠩᠬᠡᠶᠢᠯᠡᠨ ᠵᠠᠰᠠᠬᠤ | ᠲᠥᠪ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠪᠠᠨ | ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠲᠦᠢᠯ ᠤᠨ ᠶᠡᠭᠡ ᠬᠠᠪᠰᠤᠷᠤᠯᠭ᠎ᠠ ᠦᠵᠡᠭᠦᠯᠵᠦ᠂ ᠲᠦᠮᠡᠳ ᠵᠡᠭᠦᠨ ᠬᠤᠰᠢᠭᠤᠨ ᠤ ᠬᠤᠰᠢᠭᠤᠨ ᠤ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠬᠦᠴᠦᠲᠡᠶ ᠠᠬᠢᠭᠤᠯᠪᠠ ᠭᠡᠵᠦ ᠢᠯᠡᠳᠬᠡᠵᠡᠭᠡᠪᠡ | ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠨᠤᠲᠤᠭ ᠤᠨ | ᠵᠡᠭᠦᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ |